ᠰᠢᢉᠦᠬᠦ ᠶ᠋ᠢᠨ ᠲᠠᠮᠠᠭ᠎ᠠ ᠶ᠋ᠢᠨ ᠭᠠᠵᠠᠷ  ᠦᠨ ᠲᠠᠨᠢᠯᠴᠠᠭᠤᠯᠭ᠎ᠠ

ᠦᠨᠳᠦᠰᠦᠨ ᠬᠠᠤᠯᠢ ᠳᠤ ᠵᠢᠭᠠᠭᠰᠠᠨ ᠰᠢᠭᠦᠭᠴᠢ ᠶᠢᠨ ᠬᠠᠷᠠᠭᠠᠲᠤ ᠪᠤᠰᠤ᠂ ᠰᠢᠭᠦᠬᠦ ᠶᠢᠨ ᠪᠡᠶ᠎ᠡ ᠳᠠᠭᠠᠭᠰᠠᠨ ᠪᠠᠢᠳᠠᠯ ᠢ ᠬᠠᠩᠭᠠᠬᠤ ᠵᠠᠷᠴᠢᠮ ᠢ ᠬᠡᠷᠡᠭᠵᠢᠭᠦᠯᠬᠦ ᠡᠭᠦᠳᠡᠨ ᠡᠴᠡ ᠰᠢᠭᠦᠬᠦ ᠶᠢᠨ ᠲᠤᠬᠠᠢ ᠬᠠᠤᠯᠢ ᠳᠤ ᠠᠢᠮᠠᠭ᠂ ᠨᠡᠢᠰᠯᠡᠯ ᠦᠨ ᠰᠢᠭᠦᠬᠦ ᠶᠢᠨ ᠳᠡᠷᠭᠡᠳᠡ ᠲᠠᠮᠠᠭ᠎ᠠ ᠶᠢᠨ ᠬᠡᠯᠲᠡᠰ ᠪᠠᠢᠬᠤ ᠶᠢ ᠬᠠᠤᠯᠢᠴᠢᠯᠠᠭᠰᠠᠨ ᠶᠤᠮ᠃ ᠬᠠᠤᠯᠢ ᠶᠢᠨ ᠳᠡᠭᠡᠷᠡᠬᠢ ᠵᠢᠭᠠᠯᠲᠠ ᠶᠢᠨ ᠳᠠᠭᠠᠤ 1993 ᠣᠨ ᠳᠤ ᠰᠢᠭᠦᠬᠦ ᠶᠢᠨ ᠲᠠᠮᠠᠭ᠎ᠠ ᠶᠢᠨ ᠬᠡᠯᠲᠡᠰ ᠪᠠᠢᠭᠤᠯᠤᠭᠳᠠᠵᠤ ᠳᠠᠷᠤᠭ᠎ᠠ ᠪᠠᠷ ᠨᠢ ᠯ ∙ ᠪᠢᠮᠪᠠᠵᠠᠪ᠂ ᠷ ∙ ᠨᠢᠮᠰᠡᠷᠡᠩ᠂ ᠨ.ᡀᠠᠭᠸᠠᠰᠦ᠋ᠷᠦᠩ᠂ ᠭ ∙ ᠵᠢᠷᠭᠤᠭᠠᠨᠵᠢᠨ᠂ ᠮ ∙ ᠭᠠᠨᠴᠢᠯᠠᠭᠤᠨ ᠣᠳᠣ ᠪ ∙ ᠪᠠᠲᠤᠴᠡᠴᠡᠭ ᠠᠵᠢᠯᠯᠠᠵᠤ ᠪᠠᠢᠨ᠎ᠠ᠃

ᠲᠤᠰ ᠲᠠᠮᠠᠭ᠎ᠠ ᠶᠢᠨ ᠳᠠᠷᠤᠭ᠎ᠠ᠂ ᠨᠢᠪᠣ᠂ ᠨᠢᠷᠪᠠ᠂ ᠰᠢᠭᠦᠭᠴᠢ ᠶᠢᠨ ᠲᠤᠰᠠᠯᠠᠬᠤ᠂ ᠨᠠᠷᠢᠨ ᠪᠢᠴᠢᠭ ᠦᠨ ᠳᠠᠷᠤᠭ᠎ᠠ᠂ ᠪᠢᠴᠢᠭ ᠬᠦᠷᠭᠡᠭᠴᠢ᠂ ᠵᠢᠯᠣᠭᠣᠴᠢ᠂ ᠦᠢᠯᠡᠴᠢᠯᠡᠭᠴᠢ᠂ ᠵᠡᠷᠭᠡ ᠨᠡᠢᠲᠡ 22 ᠣᠷᠣᠨ ᠲᠣᠭᠠᠲᠠᠢ ᠪᠠᠷ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠪᠠᠢᠭᠠᠳ ᠮᠣᠩᠭᠣᠯ ᠤᠯᠤᠰ ᠤᠨ ᠰᠢᠭᠦᠬᠦ ᠶᠢᠨ ᠶᠡᠷᠦᠩᠬᠡᠢ ᠵᠥᠪᠯᠡᠯ ᠦᠨ 2013-12-17 ᠡᠳᠦᠷ ᠦᠨ 48 ᠳ᠋ᠤᠭᠠᠷ ᠲᠣᠭᠲᠠᠭᠠᠯ ᠤᠨ ᠳᠠᠭᠠᠤ ᠡᠷᠡᠭᠦᠦ ᠶᠢᠨ ᠬᠡᠷᠡᠭ ᠦᠨ ᠳᠠᠪᠠᠵᠤ ᠵᠠᠭᠠᠯᠳᠤᠬᠤ ᠱᠠᠲᠤᠨ ᠤ 7 ᠍ ᠳᠦᠭᠡᠷ ᠰᠢᠭᠦᠬᠦ᠂ ᠢᠷᠭᠡᠨ ᠦ ᠬᠡᠷᠡᠭ ᠦᠨ ᠳᠠᠪᠠᠵᠤ ᠵᠠᠭᠠᠯᠳᠤᠬᠤ ᠱᠠᠲᠤᠨ ᠤ 7 ᠍ ᠳᠦᠭᠡᠷ ᠰᠢᠭᠦᠬᠦ᠂ ᠵᠠᠬᠢᠷᠭᠠᠨ ᠤ ᠬᠡᠷᠡᠭ ᠦᠨ ᠠᠩᠬᠠᠨ ᠱᠠᠲᠤᠨ ᠤ 11 ᠍ ᠳᠦᠭᠡᠷ ᠰᠢᠭᠦᠬᠦ᠂ ᠰᠤᠮᠤ ᠳᠤᠮᠳᠠ ᠶᠢᠨ 14 ᠍ ᠳᠦᠭᠡᠷ ᠰᠢᠭᠦᠬᠦ ᠶᠢᠨ ᠵᠠᠬᠢᠷᠭᠠᠨ ᠤ ᠤᠳᠤᠷᠢᠳᠤᠯᠭ᠎ᠠ᠂ ᠵᠣᠬᠢᠶᠠᠨ ᠪᠠᠢᠭᠤᠯᠤᠯᠲᠠ ᠂ᠲᠥᠰᠥᠪ ᠰᠠᠩᠬᠦᠦ᠂ ᠠᠵᠤ ᠠᠬᠤᠢ ᠶᠢᠨ ᠠᠵᠢᠯ ᠪᠣᠯᠤᠨ ᠬᠦᠮᠦᠨ ᠦ ᠨᠥᠭᠡᠴᠡ ᠶᠢᠨ ᠬᠥᠭᠵᠢᠯ᠂ ᠤᠳᠤᠷᠢᠳᠤᠯᠭ᠎ᠠ ᠶᠢ ᠰᠢᠭᠦᠨ ᠲᠠᠰᠤᠯᠬᠤ ᠠᠵᠢᠯᠯᠠᠭ᠎ᠠ ᠶᠢ ᠬᠡᠪ ᠦᠨ ᠶᠠᠪᠤᠭᠤᠯᠬᠤ ᠪᠠᠷ ᠳᠠᠪᠠᠵᠤ ᠵᠠᠭᠠᠯᠳᠤᠬᠤ ᠪᠣᠯᠤᠨ ᠠᠩᠬᠠᠨ ᠱᠠᠲᠤᠨ ᠤ ᠱᠡᠦᠬᠡ ᠨᠦᠭᠦᠳ ᠦᠨ ᠲᠠᠮᠠᠭ᠎ᠠ ᠶᠢᠨ ᠭᠠᠵᠠᠷ ᠪᠠᠢᠭᠤᠯᠤᠭᠳᠠᠨ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠪᠠᠢᠭᠠᠳ 2015 ᠣᠨ ᠤ 6 ᠳ᠋ᠤᠭᠠᠷ ᠰᠠᠷ᠎ᠠ ᠶᠢᠨ 19 ᠍ ᠦ ᠡᠳᠦᠷ ᠦᠨ 《ᠰᠢᠭᠦᠬᠦ ᠪᠠᠢᠭᠤᠯᠬᠤ ᠲᠤᠬᠠᠢ》 ᠬᠠᠤᠯᠢ ᠪᠠᠷ ᠣᠷᠬᠣᠨ ᠠᠢᠮᠠᠭ ᠳᠠᠬᠢ ᠢᠷᠭᠡᠨ ᠦ ᠬᠡᠷᠡᠭ ᠦᠨ ᠠᠩᠬᠠᠨ ᠱᠠᠲᠤᠨ ᠤ ᠰᠢᠭᠦᠬᠦ᠂ ᠣᠷᠬᠣᠨ ᠠᠢᠮᠠᠭ ᠳᠠᠬᠢ ᠡᠷᠡᠭᠦᠦ ᠶᠢᠨ ᠬᠡᠷᠡᠭ ᠦᠨ ᠠᠩᠬᠠᠨ ᠱᠠᠲᠤᠨ ᠤ ᠰᠢᠭᠦᠬᠦ᠂ ᠣᠷᠬᠣᠨ ᠠᠢᠮᠠᠭ ᠳᠠᠬᠢ ᠵᠠᠬᠢᠷᠭᠠᠨ ᠤ ᠬᠡᠷᠡᠭ ᠦᠨ ᠠᠩᠬᠠᠨ ᠱᠠᠲᠤᠨ ᠤ ᠰᠢᠭᠦᠬᠦ᠂ ᠪᠤᠯᠠᠭᠠᠨ᠂ ᠣᠷᠬᠣᠨ᠂ ᠬᠥᠪᠰᠥᠭᠥᠯ ᠠᠢᠮᠠᠭ ᠤᠨ ᠡᠷᠡᠭᠦᠦ ᠶᠢᠨ ᠬᠡᠷᠡᠭ ᠦᠨ ᠳᠠᠪᠠᠵᠤ ᠵᠠᠭᠠᠯᠳᠤᠬᠤ ᠱᠠᠲᠤᠨ ᠤ ᠰᠢᠭᠦᠬᠦ᠂ ᠪᠤᠯᠠᠭᠠᠨ᠂ ᠣᠷᠬᠣᠨ᠂ ᠬᠥᠪᠰᠥᠭᠥᠯ ᠠᠢᠮᠠᠭ ᠤᠨ ᠢᠷᠭᠡᠨ ᠦ ᠬᠡᠷᠡᠭ ᠦᠨ ᠳᠠᠪᠠᠵᠤ ᠵᠠᠭᠠᠯᠳᠤᠬᠤ ᠱᠠᠲᠤᠨ ᠤ ᠰᠢᠭᠦᠬᠦ ᠶᠢᠨ ᠲᠠᠮᠠᠭ᠎ᠠ ᠶᠢᠨ ᠭᠠᠵᠠᠷ ᠰᠢᠨ᠎ᠡ ᠪᠡᠷ ᠪᠠᠢᠭᠤᠯᠤᠭᠳᠠᠨ ᠠᠵᠢᠯᠯᠠᠵᠤ ᠪᠠᠢᠭᠠᠳ 2016 ᠣᠨ ᠤ 05 ᠳ᠋ᠤᠭᠠᠷ ᠰᠠᠷ᠎ᠠ ᠶᠢᠨ 13 ᠍ ᠤ ᠡᠳᠦᠷ ᠦᠨ 《ᠰᠢᠭᠦᠬᠦ ᠪᠠᠢᠭᠤᠯᠬᠤ ᠲᠤᠬᠠᠢ ᠬᠠᠤᠯᠢ ᠳᠤ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ》 ᠍ ᠢ ᠪᠠᠷ᠄

ᠣᠷᠬᠣᠨ ᠠᠢᠮᠠᠭ ᠤᠨ ᠡᠷᠡᠭᠦᠦ ᠶᠢᠨ ᠬᠡᠷᠡᠭ ᠦᠨ ᠳᠠᠪᠠᠵᠤ ᠵᠠᠭᠠᠯᠳᠤᠬᠤ ᠱᠠᠲᠤᠨ ᠤ ᠰᠢᠭᠦᠬᠦ
ᠣᠷᠬᠣᠨ ᠠᠢᠮᠠᠭ ᠤᠨ ᠢᠷᠭᠡᠨ ᠦ ᠬᠡᠷᠡᠭ ᠦᠨ ᠳᠠᠪᠠᠵᠤ ᠵᠠᠭᠠᠯᠳᠤᠬᠤ ᠱᠠᠲᠤᠨ ᠤ ᠰᠢᠭᠦᠬᠦ
\ᠣᠷᠬᠣᠨ ᠠᠢᠮᠠᠭ ᠳᠠᠬᠢ ᠰᠤᠮᠤ ᠳᠤᠮᠳᠠ ᠶᠢᠨ ᠠᠩᠬᠠᠨ ᠱᠠᠲᠤᠨ ᠤ ᠰᠢᠭᠦᠬᠦ
ᠣᠷᠬᠣᠨ ᠠᠢᠮᠠᠭ ᠳᠠᠬᠢ ᠵᠠᠬᠢᠷᠭᠠᠨ ᠤ ᠬᠡᠷᠡᠭ ᠦᠨ ᠠᠩᠬᠠᠨ ᠱᠠᠲᠤᠨ ᠤ ᠰᠢᠭᠦᠬᠦ - ᠡᠢᠨ ᠲᠠᠮᠠᠭ᠎ᠠ ᠶᠢᠨ ᠭᠠᠵᠠᠷ ᠪᠣᠯᠤᠭᠰᠠᠨ᠃